3 ᠰᠠᠷ᠎ᠠ ᠶᠢᠨ 15 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠠᠴᠠ ᠭᠤᠤᠯᠯᠠᠨ ᠡᠷᠭᠢᠯᠡᠭᠰᠡᠨ ︽3 · 15︾ ᠤ ᠣᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠸᠠᠨ ᠳ᠋ᠠ ᠲᠠᠯᠠᠪᠠᠶ ᠳᠤ ᠦᠪᠡᠳᠡᠭᠰᠢ | ᠶᠡᠭᠡ ᠪᠠᠷ ᠶᠠᠪᠤᠭᠳᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠵᠧᠤ ᠴᠦᠨ ᠮᠧᠶ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠥᠩ | ᠵᠢᠶ ᠰᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠᠩ ᠳ᠋ᠦᠩ ᠮᠢᠨ | ᠠᠵᠢᠯᠯᠠᠭ᠎ᠠ ᠳᠤ ᠣᠷᠣᠯᠴᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠤᠳᠤᠷᠢᠳᠤᠯᠭ᠎ᠠ᠂ ᠠᠵᠤ ᠠᠬᠤᠶᠢᠯᠠᠯ ᠤᠨ ᠲᠥᠯᠥᠭᠡᠯᠡᠭᠴᠢ᠂ ᠵᠠᠭᠤᠴᠢᠯᠠᠭᠤᠷ ᠤᠨ ᠲᠥᠯᠥᠭᠡᠯᠡᠭᠴᠢ 300 ᠭᠠᠷᠤᠶ | ᠬᠥᠮᠦᠨ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ︽2022 ᠣᠨ ᠤ ᠮᠠᠨᠵᠤᠤᠷ ᠬᠤᠲᠠ ᠶᠢᠨ 12315 ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠵᠠᠳᠠᠯᠤᠯᠲᠠ︾ ᠶᠢ ᠨᠡᠶᠢᠲᠡᠯᠡᠪᠡ᠃ 2022 ᠣᠨ ᠳᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠦᠬᠦ ᠤᠯᠤᠰ ᠤᠨ 12315 ᠲᠠᠪᠴᠠᠩ ᠪᠣᠯᠤᠨ | ᠬᠠᠯᠠᠮᠰᠢᠯ ᠤᠲᠠᠰᠤ ᠵᠢᠴᠢ ᠬᠥᠯᠥᠨ ᠪᠤᠶᠢᠷ ᠬᠤᠳᠠ ᠶᠢᠨ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠲᠠᠪᠴᠠᠩ ᠳᠤ ᠲᠦᠰᠢᠭᠯᠡᠨ | ᠬᠡᠷᠡᠭᠯᠡᠭᠴᠢᠳ ᠤᠨ ᠠᠰᠠᠭᠤᠨ ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠨᠡᠶᠢᠳᠡ 1424 ᠬᠤᠪᠢ | ᠬᠦᠯᠢᠶᠡᠨ ᠠᠪᠴᠤ᠂ ᠬᠡᠷᠡᠭᠯᠡᠭᠴᠢᠳ ᠲᠤ 29.85 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ | ᠡᠭᠡᠭᠦᠯᠦᠨ ᠠᠪᠴᠢᠷᠠᠵᠤ᠂ ᠲᠥᠪ ᠭᠤᠣᠯᠴᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠪᠦᠲᠦᠮᠵᠢᠲᠡᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠬᠤ᠂ ᠰᠠᠨᠠᠭ᠎ᠠ ᠠᠮᠤᠷ | ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠳᠤ ᠢᠳᠡᠪᠬᠢᠲᠡᠢ ᠦᠢᠯᠡᠳᠦᠯ ᠦᠵᠡᠭᠦᠯᠵᠡᠢ᠃ ᠬᠤᠲᠠ ᠶᠢᠨ | ᠳᠡᠳ᠋ ᠳᠠᠷᠤᠭ᠎ᠠ ᠰᠥᠩ ᠵᠢᠶ ᠰᠢᠶᠠᠩ ᠴᠢᠬᠤᠯᠠᠴᠢᠯᠠᠬᠤ ᠳᠠᠭᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ | ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠦᠬᠦ ᠬᠤᠳᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ︾ ᠵᠢᠯ ᠤᠨ ᠭᠤᠣᠯ | ᠰᠡᠳᠦᠪ ᠢ ᠴᠢᠩᠭ᠎ᠠ ᠠᠳᠬᠤᠵᠤ᠂ ᠴᠢᠨᠠᠷ ᠰᠠᠶᠢᠲᠠᠢ ᠦᠢᠯᠡᠳᠬᠦᠨ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢ | ᠦᠷᠭᠦᠯᠵᠢᠯᠡᠨ ᠨᠡᠮᠡᠭᠳᠡᠭᠦᠯᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠬᠡᠷᠡᠭᠯᠡᠭᠴᠢᠳ ᠤᠨ ︽ᠪᠠᠴᠢᠮᠳᠠᠬᠤ ᠶᠢᠨ ᠠᠷᠭ᠎ᠠ ᠦᠭᠡᠢ ᠵᠣᠪᠠᠭ᠋ᠤ ᠶᠢᠨ ᠠᠷᠭ᠎ᠠ ᠦᠭᠡᠢ︾ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠴᠢᠳ ᠤᠨ ᠵᠠᠭᠠᠯᠳᠤᠭᠰᠠᠨ ᠠᠰᠠᠭᠤᠳᠠᠯ ᠢ ᠰᠢᠢᠳᠪᠦᠷᠢᠯᠡᠬᠦ ᠡᠷᠴᠢᠮ ᠢ | ᠴᠢᠩᠭᠠᠷᠠᠭᠤᠯᠵᠤ᠂ ᠬᠡᠷᠡᠭᠯᠡᠭᠡᠨ ᠤ ᠶᠠᠪᠤᠴᠠ ᠶᠢ ᠨᠡᠩ ᠠᠮᠤᠷ ᠲᠦᠪᠰᠢᠨ᠂ ᠨᠡᠩ ᠠᠮᠤᠷ ᠲᠣᠭᠲᠠᠭᠤᠨ᠂ ᠨᠡᠩ ᠳᠥᠭᠦᠮ | ᠳᠥᠲᠡ ᠪᠣᠯᠭᠠᠬᠤ ᠬᠡᠷᠡᠭᠲᠡᠢ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠦᠵᠡᠭᠦᠯᠦᠯᠭᠡ ᠶᠢᠨ ᠲᠣᠭᠤᠷᠢᠭ᠂ ᠠᠷᠠᠳ ᠲᠤ ᠠᠰᠢᠭ ᠬᠦᠷᠲᠡᠭᠡᠬᠦ | ᠲᠣᠭᠤᠷᠢᠭ᠂ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠲᠠᠪᠴᠠᠩ᠂ ᠵᠠᠭᠠᠯᠳᠤᠯᠭ᠎ᠠ ᠶᠢᠨ ᠯᠠᠪᠯᠠᠯᠲᠠ ᠶᠢᠨ | ᠲᠠᠪᠴᠠᠩ ᠵᠢᠴᠢ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠵᠠᠶ᠃ 40 ᠭᠠᠷᠤᠢ ᠠᠵᠤ ᠠᠬᠤᠶᠢᠯᠠᠯ | ᠨᠡᠷᠡᠳᠦ ᠰᠢᠯᠢᠳᠡᠭ ᠪᠦᠲᠦᠭᠡᠭᠳᠡᠬᠦᠨ ᠤ ᠦᠵᠡᠭᠦᠯᠦᠯᠭᠡ ᠶᠢᠨ ᠲᠠᠪᠴᠠᠩ ᠭᠠᠷᠭᠠᠵᠤ᠂ ᠭᠠᠵᠠᠷ ᠰᠢᠷᠣᠢ ᠶᠢᠨ | ᠥᠮᠴᠢᠯᠡᠯ ᠤᠨ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠤᠷᠤᠰ ᠤᠨ ᠢᠳᠡᠭᠡᠨ᠂ ᠣᠷᠣᠨ ᠨᠤᠲᠤᠭ ᠤᠨ | ᠣᠨᠴᠠᠯᠢᠭ ᠲᠠᠢ ᠢᠳᠡᠭᠡᠨ ᠤᠮᠳᠠᠭᠠᠨ᠂ ᠨᠡᠷᠡᠳᠦ ᠰᠢᠯᠢᠳᠡᠭ ᠲᠠᠸᠠᠷ ᠤᠨ ᠲᠡᠮᠳᠡᠭ ᠢ ᠲᠥᠪᠯᠡᠷᠡᠭᠦᠯᠦᠨ ᠳᠡᠯᠭᠡᠨ | ᠦᠵᠡᠭᠦᠯᠵᠡᠢ᠃ ᠮᠠᠨᠵᠤᠤᠷ ᠬᠤᠳᠠ ᠶᠢᠨ ᠲᠤᠰ ᠭᠠᠵᠠᠷ ᠤᠨ ᠠᠵᠤ ᠠᠬᠤᠶᠢᠯᠠᠯ ᠨᠡᠶᠢᠭᠡᠮ ᠳᠤ ᠠᠴᠢ ᠬᠠᠷᠢᠭᠤᠯᠵᠤ᠂ | ᠠᠷᠠᠳ ᠲᠤ ᠠᠰᠢᠭ ᠬᠦᠷᠲᠡᠭᠡᠵᠦ᠂ ᠠᠷᠠᠳ ᠲᠤ ᠠᠰᠢᠭ ᠬᠦᠷᠲᠡᠭᠡᠬᠦ ᠪᠣᠷᠣᠯᠠᠭᠤᠯᠭ᠎ᠠ ᠶᠢ ᠥᠷᠨᠢᠭᠦᠯᠵᠦ᠂ | ᠬᠡᠷᠡᠭᠯᠡᠭᠴᠢᠳ ᠬᠠᠷᠠᠭᠠᠯᠵᠠᠯ ᠤᠨ ᠠᠵᠢᠯᠯᠠᠭ᠎ᠠ ᠳᠤ ᠲᠠᠲᠠᠭᠳᠠᠵᠤ᠂ ᠠᠮᠲᠠᠲᠤ ᠢᠳᠡᠭᠡᠨ ᠢ ᠠᠮᠲᠠᠯᠠᠬᠤ ᠪᠠᠷ ᠢᠷᠡᠵᠦ᠂ | ᠬᠡᠷᠡᠭᠯᠡᠭᠡᠨ ᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ | ᠲᠠᠪᠴᠠᠩ ᠭᠠᠷᠭᠠᠵᠤ᠂ ᠲᠤᠬᠠᠶ ᠶᠢᠨ ᠲᠠᠯᠠᠪᠤᠷ ᠲᠤ ᠴᠢᠰᠤᠨ ᠳᠠᠷᠤᠯᠲᠠ ᠶᠢᠨ ᠬᠡᠮᠵᠢᠭᠦᠷ ᠢ ᠰᠢᠯᠭᠠᠨ ᠲᠣᠭᠲᠠᠭᠠᠬᠤ᠂ | ᠨᠢᠳᠦᠨ ᠰᠢᠯ ᠤᠨ ᠲᠥᠪᠯᠡᠷᠡᠯ ᠤᠨ ᠬᠡᠮᠵᠢᠶ᠎ᠡ ᠶᠢ ᠪᠠᠶᠢᠴᠠᠭᠠᠨ ᠰᠢᠯᠭᠠᠵᠤ ᠠᠷᠠᠳ ᠲᠤ ᠲᠥᠬᠦᠮ ᠦᠵᠡᠭᠦᠯᠬᠦ | ᠦᠶ᠋ᠯᠡᠴᠢᠯᠡᠭᠡ ᠶᠢ ᠥᠷᠨᠢᠭᠦᠯᠦᠨ᠎ᠡ᠃ ᠵᠠᠭᠠᠯᠳᠤᠯᠭ᠎ᠠ ᠶᠢᠨ ᠯᠠᠪᠯᠠᠯᠭ᠎ᠠ ᠶᠢᠨ ᠲᠠᠪᠴᠠᠩ ᠭᠠᠷᠭᠠᠵᠤ᠂ ᠡᠯ᠎ᠡ ᠬᠠᠮᠢᠶ᠎ᠠ | ᠪᠥᠬᠦᠶ ᠨᠢᠭᠡᠴᠡ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠣᠯᠠᠨ ᠨᠡᠶᠢᠲᠡ ᠶᠢᠨ | ᠯᠠᠪᠯᠠᠯᠭ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠬᠡᠷᠡᠭᠯᠡᠭᠡᠨ ᠤ ᠵᠢᠭᠤᠷᠠᠯᠳᠤᠭᠠᠨ ᠳᠤ ᠤᠴᠠᠷᠠᠬᠤ ᠪᠤᠶᠤ ᠬᠠᠭᠤᠷᠮᠠᠭ ᠮᠠᠭᠤ ᠲᠠᠸᠠᠷ ᠢ ᠢᠯᠡᠷᠡᠭᠦᠯᠪᠡᠯ᠂ ᠢᠳᠡᠪᠬᠢᠲᠡᠶ ᠪᠠᠷ | ᠵᠠᠭᠠᠯᠳᠤᠵᠤ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠨ᠎ᠠ᠃ ︽ᠬᠠᠯᠠᠭᠤᠨ ᠳᠤᠯᠠᠭᠠᠨ ᠢᠶᠠᠷ ᠰᠠᠬᠢᠨ ᠬᠠᠮᠠᠭᠠᠯᠠᠵᠤ᠂ | ᠵᠠᠯᠠᠭᠤᠴᠤᠳ ᠲᠠᠢ ᠬᠠᠮᠲᠤ ᠶᠠᠪᠤᠬᠤ︾ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠵᠡᠷᠭᠡ | ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠬᠢᠵᠦ᠂ ᠮᠠᠨ ᠤ ᠬᠤᠲᠠ ᠶᠢᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ | ᠲᠠᠯ᠎ᠠ ᠪᠠᠷ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠶ᠋ᠴᠡᠳ ᠳᠡᠯᠭᠡᠨ ᠦᠵᠡᠭᠦᠯᠵᠡᠶ᠃ | ᠲᠣᠰ ᠠᠵᠢᠯᠯᠠᠭ᠎ᠠ ᠳᠤ ᠪᠠᠰᠠ ︽ᠦᠨᠡᠨᠴᠢ ᠢᠲᠡᠭᠡᠮᠵᠢᠲᠡᠶ ᠠᠵᠤ ᠠᠬᠤᠶᠢᠯᠠᠯ︾᠂ ︽ᠦᠨᠡᠨᠴᠢ ᠢᠲᠡᠭᠡᠮᠵᠢᠲᠡᠶ | ᠡᠵᠡᠩᠨᠡᠯᠲᠡ ᠶᠢᠨ ᠵᠢᠱᠢᠶ᠎ᠡ ᠦᠵᠡᠭᠦᠯᠬᠦ ᠳᠡᠯᠭᠡᠭᠦᠷ︾᠂ ︽ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ | ᠳᠡᠯᠭᠡᠭᠦᠷ︾᠂ ︽ᠰᠠᠨᠠᠭ᠎ᠠ ᠠᠮᠤᠷ ᠮᠢᠬ᠎ᠠ ᠨᠣᠭᠤᠭ᠎ᠠ ᠶᠢᠨ ᠵᠢᠱᠢᠶ᠎ᠡ ᠦᠵᠡᠭᠦᠯᠬᠦ ᠬᠡᠲᠦ ᠳᠡᠯᠭᠡᠭᠦᠷ︾ ᠭᠡᠬᠦ ᠴᠣᠯᠠ | ᠭᠥᠷᠳᠡᠭᠰᠡᠨ 20 ᠨᠢᠭᠡᠴᠡ ᠳᠤ ᠱᠠᠩᠨᠠᠯ ᠭᠠᠷᠳᠠᠭᠤᠯᠵᠠᠶ᠃ | ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢ ᠠᠬᠢᠭᠤᠯᠬᠤ ᠳᠤ ᠡᠵᠡᠩᠨᠡᠭᠴᠢ ᠦᠨᠡᠨᠴᠢ ᠢᠲᠡᠭᠡᠮᠵᠢᠲᠡᠶ ᠪᠠᠶᠢᠵᠤ᠂ | ᠬᠠᠤᠯᠢ ᠶᠣᠰᠣᠭᠠᠷ ᠡᠵᠡᠩᠨᠡᠵᠦ᠂ ᠲᠠᠸᠠᠷ ᠪᠠ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ︔ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠭᠤᠷᠮᠠᠭ ᠮᠠᠭᠤ ᠲᠠᠸᠠᠷ ᠪᠣᠯᠤᠨ ᠬᠠᠤᠯᠢ ᠠᠴᠠ | ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠴᠡᠪᠡᠷᠰᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ ᠶᠢ ᠱᠠᠭᠠᠷᠳᠠᠨ᠎ᠠ᠃ | ᠳᠠᠷᠠᠭᠠᠴᠢ ᠶᠢᠨ ᠠᠯᠬᠤᠮ ᠳᠤ᠂ ᠮᠠᠨᠵᠤᠤᠷ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶ᠎ᠠ ᠬᠡᠷᠡᠭᠯᠡᠭᠡᠨ ᠤ ᠡᠷᠬᠡ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠮᠠᠨᠵᠤᠤᠷ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ | ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | | | | | | | | | | | |