ᠣᠶᠢᠷ᠎ᠠ ᠳᠤ᠂ ᠮᠠᠨᠵᠤᠤᠷ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ | ᠨᠠᠮ ᠤᠨ ᠭᠡᠰᠢᠭᠦᠨ ᠺᠠᠳ᠋ᠷ ᠴᠠᠭᠳᠠᠭ᠎ᠠ ᠨᠠᠷ ᠳ᠋ᠦᠩᠱᠠᠨ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠲᠤ | ᠬᠦᠷᠴᠦ ︽ᠶᠡᠭᠡ ᠨᠠᠮ ᠤᠨ ᠬᠤᠷᠢᠶ᠎ᠠ︾ ︽ᠯᠸᠢ ᠹᠧᠩ ᠠᠴᠠ ᠰᠤᠷᠤᠯᠴᠠᠵᠤ᠂ ᠰᠢᠨ᠎ᠡ ᠬᠡᠪ ᠰᠤᠷᠲᠠᠯ ᠢ ᠪᠣᠶ | ᠪᠣᠯᠭᠠᠬᠤ︾ ᠭᠤᠤᠯ ᠰᠡᠳᠦᠪᠲᠦ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠤᠬᠠᠭᠤᠯᠭ᠎ᠠ ᠬᠢᠵᠦ᠂ ᠰᠠᠭᠤᠭᠠᠯᠢ ᠠᠷᠠᠳ ᠤᠨ | ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠥᠭᠡᠳ ᠭᠦᠢᠴᠡᠳ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ | ᠤᠴᠢᠷ ᠢ ᠲᠣᠳᠣᠷᠬᠠᠶᠢᠯᠠᠵᠤ᠂ ᠲᠥᠭᠡᠷᠢᠭᠳᠡᠯ ᠢ ᠲᠠᠶᠢᠯᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠡᠢ᠃ ᠡᠭᠦᠨ ᠤ | ᠵᠡᠷᠭᠡ ᠳᠤ᠂ ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠤᠨ ᠲᠣᠳᠣᠷᠬᠠᠶ ᠬᠠᠭᠤᠳᠠᠰᠤ ᠵᠡᠷᠭᠡ ᠬᠠᠤᠯᠢ ᠴᠠᠭᠠᠵᠠ ᠶᠢᠨ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠬᠤᠯᠪᠣᠭᠳᠠᠯ ᠪᠥᠬᠦᠶ ᠲᠤᠬᠠᠶ ᠶᠢᠨ ᠬᠥᠮᠦᠨ ᠤ | ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠶᠢ ᠵᠢᠭᠠᠨ ᠵᠢᠯᠣᠭᠤᠳᠴᠤ᠂ ᠲᠤᠬᠠᠶ ᠶᠢᠨ | ᠬᠥᠮᠦᠨ ᠢ ︽ᠨᠢᠭᠡ ᠯᠡ ᠤᠳᠠᠭ᠎ᠠ ᠭᠦᠶᠦᠯᠭᠡᠬᠦ︾ ᠪᠣᠯᠭᠠᠵᠠᠶ᠃ ᠺᠠᠳ᠋ᠷ ᠴᠠᠭᠳᠠᠭ᠎ᠠ ᠨᠠᠷ ᠪᠠᠰᠠ ᠠᠷᠠᠳ ᠤᠨ ᠰᠢᠭᠦᠬᠦ | ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ᠂ 12368 ᠵᠠᠷᠭᠤ ᠶᠢᠨ ᠦᠢᠯᠡᠴᠢᠯᠡᠭᠡᠨ ᠤ | ᠬᠠᠯᠠᠭᠤᠨ ᠤᠲᠠᠰᠤ ᠵᠡᠷᠭᠡ ᠤᠶᠤᠨᠲᠤ ᠰᠢᠭᠦᠬᠦ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠭᠦᠨᠵᠡᠭᠡᠶ ᠤᠬᠠᠭᠤᠯᠤᠨ ᠳᠡᠯᠭᠡᠷᠡᠭᠦᠯᠵᠡᠶ᠃ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠲᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠰᠦᠯᠵᠢᠶᠡᠨ ᠳᠡᠭᠡᠷ᠎ᠡ ᠡᠪᠬᠡᠮᠡᠯ ᠦᠵᠡᠬᠦ | ᠂ ᠪᠢᠴᠢᠭ ᠬᠠᠷ᠎ᠠ ᠶᠢ ᠭᠠᠷ ᠤᠨ ᠦᠰᠦᠭ ᠵᠢᠷᠤᠵᠤ ᠬᠤᠷᠢᠶᠠᠬᠤ᠂ ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ᠂ | ᠡᠯᠧᠺᠲᠷᠣᠨ ᠢᠶᠠᠷ ᠬᠦᠷᠭᠡᠬᠦ ᠵᠡᠷᠭᠡ ᠴᠢᠳᠠᠮᠵᠢ ᠶᠢ ᠭᠠᠷ ᠤᠲᠠᠰᠤᠨ ᠤ ᠦᠵᠦᠭᠦᠷ ᠲᠤ ᠠᠮᠠᠷᠬᠠᠨ ᠪᠡᠶᠡᠯᠡᠭᠦᠯᠵᠦ᠂ | ᠭᠡᠷ ᠠᠴᠠ ᠪᠠᠨ ᠭᠠᠷᠬᠤ ᠦᠭᠡᠢ ᠪᠠᠷ ᠳᠥᠭᠦᠮ ᠳᠥᠲᠡ ᠪᠥᠭᠡᠳ ᠪᠦᠷᠢᠨ ᠭᠦᠢᠴᠡᠳ ᠬᠠᠤᠯᠢ ᠴᠠᠭᠠᠵᠠ ᠶᠢᠨ | ᠦᠢᠯᠡᠴᠢᠯᠡᠭᠡ ᠶᠢ ᠬᠦᠷᠳᠡᠵᠦ ᠪᠣᠯᠤᠨ᠎ᠠ ᠭᠡᠳᠡᠭ ᠢ ᠭᠦᠢᠴᠡᠳ ᠤᠶᠢᠯᠭᠠᠭᠤᠯᠪᠠ᠃ | ᠲᠠᠷᠠᠭᠠᠴᠢ ᠶᠢᠨ ᠠᠯᠬᠤᠮ ᠳᠤ᠂ ᠮᠠᠨᠵᠤᠤᠷ ᠤᠨ ᠰᠢᠭᠦᠭ᠊ ᠬᠤᠷᠢᠶ᠎ᠠ ᠪᠠᠶᠢᠩᠭᠤᠵᠢᠭᠰᠠᠨ᠂ ᠤᠷᠳᠤ ᠬᠤᠭᠤᠴᠠᠭᠠᠨ ᠤ | ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ ᠠᠵᠢᠯᠯᠠᠭ᠎ᠠ ᠶᠢᠨ | ᠥᠷᠨᠢᠯᠲᠡ ᠶᠢ ᠭᠦᠨᠵᠡᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠤᠯᠢ ᠪᠠᠷᠢᠬᠤ ᠶᠢ | ᠦᠢᠯᠡᠳᠦᠯᠭᠡᠵᠢᠭᠦᠯᠬᠦ ᠪᠣᠯᠤᠨ᠎ᠠ᠃ | |