ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ ︽ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ ᠶᠢ ᠭᠦᠨᠵᠡᠭᠡᠶ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2023/3/22
      ᠣᠶᠢᠷ᠎ᠠ ᠳᠤ᠂ ᠮᠠᠨᠵᠤᠤᠷ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠬᠤᠶᠠᠳᠤᠭᠠᠷ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠨᠠᠷ ᠳ᠋ᠦᠩᠱᠠᠨ ᠵᠡᠭᠡᠯᠢ ᠭᠤᠳᠤᠮᠵᠢ ᠶᠢᠨ ᠰᠢᠨ ᠶᠤᠸᠠᠨ ᠨᠡᠶᠢᠭᠡᠮ ᠲᠣᠭᠤᠷᠢᠭ ᠲᠤ ᠬᠦᠷᠴᠦ ︽ᠶᠡᠭᠡ ᠨᠠᠮ ᠤᠨ ᠬᠤᠷᠢᠶ᠎ᠠ︾ ︽ᠯᠸᠢ  ᠹᠧᠩ ᠠᠴᠠ ᠰᠤᠷᠤᠯᠴᠠᠵᠤ᠂ ᠰᠢᠨ᠎ᠡ ᠬᠡᠪ ᠰᠤᠷᠲᠠᠯ ᠢ ᠪᠣᠶ ᠪᠣᠯᠭᠠᠬᠤ︾ ᠭᠤᠤᠯ ᠰᠡᠳᠦᠪᠲᠦ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃
20230320100007681wehkp6_l.png 
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠤᠬᠠᠭᠤᠯᠭ᠎ᠠ ᠬᠢᠵᠦ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠳᠤ ᠬᠦᠯᠢᠴᠡᠩᠭᠦᠶ ᠪᠥᠭᠡᠳ ᠭᠦᠢᠴᠡᠳ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠵᠤ᠂ ᠲᠥᠭᠡᠷᠢᠭᠳᠡᠯ ᠢ ᠲᠠᠶᠢᠯᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠡᠢ᠃ ᠡᠭᠦᠨ ᠤ ᠵᠡᠷᠭᠡ ᠳᠤ᠂ ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠤᠨ ᠲᠣᠳᠣᠷᠬᠠᠶ ᠬᠠᠭᠤᠳᠠᠰᠤ ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠬᠤᠯᠪᠣᠭᠳᠠᠯ ᠪᠥᠬᠦᠶ ᠲᠤᠬᠠᠶ ᠶᠢᠨ ᠬᠥᠮᠦᠨ ᠤ ᠬᠡᠷᠡᠭ ᠪᠣᠯᠭᠠᠨ ᠳᠠᠩᠰᠠᠯᠠᠬᠤ ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠶᠢ ᠵᠢᠭᠠᠨ ᠵᠢᠯᠣᠭᠤᠳᠴᠤ᠂ ᠲᠤᠬᠠᠶ ᠶᠢᠨ ᠬᠥᠮᠦᠨ ᠢ ︽ᠨᠢᠭᠡ ᠯᠡ ᠤᠳᠠᠭ᠎ᠠ ᠭᠦᠶᠦᠯᠭᠡᠬᠦ︾ ᠪᠣᠯᠭᠠᠵᠠᠶ᠃ ᠺᠠᠳ᠋ᠷ ᠴᠠᠭᠳᠠᠭ᠎ᠠ ᠨᠠᠷ ᠪᠠᠰᠠ ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ᠂ 12368 ᠵᠠᠷᠭᠤ ᠶᠢᠨ ᠦᠢᠯᠡᠴᠢᠯᠡᠭᠡᠨ ᠤ ᠬᠠᠯᠠᠭᠤᠨ ᠤᠲᠠᠰᠤ ᠵᠡᠷᠭᠡ ᠤᠶᠤᠨᠲᠤ ᠰᠢᠭᠦᠬᠦ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠭᠦᠨᠵᠡᠭᠡᠶ ᠤᠬᠠᠭᠤᠯᠤᠨ ᠳᠡᠯᠭᠡᠷᠡᠭᠦᠯᠵᠡᠶ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ᠂ ᠰᠦᠯᠵᠢᠶᠡᠨ ᠳᠡᠭᠡᠷ᠎ᠡ ᠡᠪᠬᠡᠮᠡᠯ ᠦᠵᠡᠬᠦ ᠂ ᠪᠢᠴᠢᠭ ᠬᠠᠷ᠎ᠠ ᠶᠢ ᠭᠠᠷ ᠤᠨ ᠦᠰᠦᠭ ᠵᠢᠷᠤᠵᠤ ᠬᠤᠷᠢᠶᠠᠬᠤ᠂ ᠰᠦᠯᠵᠢᠶᠡᠨ ᠳᠡᠭᠡᠷ᠎ᠡ ᠲᠢᠩᠬᠢᠮ ᠨᠡᠭᠡᠭᠡᠬᠦ᠂ ᠡᠯᠧᠺᠲᠷᠣᠨ ᠢᠶᠠᠷ ᠬᠦᠷᠭᠡᠬᠦ ᠵᠡᠷᠭᠡ ᠴᠢᠳᠠᠮᠵᠢ ᠶᠢ ᠭᠠᠷ ᠤᠲᠠᠰᠤᠨ ᠤ ᠦᠵᠦᠭᠦᠷ ᠲᠤ ᠠᠮᠠᠷᠬᠠᠨ ᠪᠡᠶᠡᠯᠡᠭᠦᠯᠵᠦ᠂ ᠭᠡᠷ ᠠᠴᠠ ᠪᠠᠨ ᠭᠠᠷᠬᠤ ᠦᠭᠡᠢ ᠪᠠᠷ ᠳᠥᠭᠦᠮ ᠳᠥᠲᠡ ᠪᠥᠭᠡᠳ ᠪᠦᠷᠢᠨ ᠭᠦᠢᠴᠡᠳ ᠬᠠᠤᠯᠢ ᠴᠠᠭᠠᠵᠠ ᠶᠢᠨ ᠦᠢᠯᠡᠴᠢᠯᠡᠭᠡ ᠶᠢ ᠬᠦᠷᠳᠡᠵᠦ ᠪᠣᠯᠤᠨ᠎ᠠ ᠭᠡᠳᠡᠭ ᠢ ᠭᠦᠢᠴᠡᠳ ᠤᠶᠢᠯᠭᠠᠭᠤᠯᠪᠠ᠃    ᠲᠠᠷᠠᠭᠠᠴᠢ ᠶᠢᠨ ᠠᠯᠬᠤᠮ ᠳᠤ᠂ ᠮᠠᠨᠵᠤᠤᠷ ᠤᠨ ᠰᠢᠭᠦᠭ᠊ ᠬᠤᠷᠢᠶ᠎ᠠ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠪᠠᠷ ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ ᠠᠵᠢᠯᠯᠠᠭ᠎ᠠ ᠶᠢᠨ ᠥᠷᠨᠢᠯᠲᠡ ᠶᠢ ᠭᠦᠨᠵᠡᠭᠡᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠬᠦ ᠪᠣᠯᠤᠨ᠎ᠠ᠃   
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ