ᠪᠥᠬᠦ ᠤᠯᠤᠰ ᠤᠨ 60 ᠳ᠋ᠤᠭᠠᠷ ︽ᠯᠸᠢ ᠹᠧᠩ ᠠᠴᠠ ᠰᠤᠷᠤᠯᠴᠠᠭᠰᠠᠨ︾ ᠳᠤᠷᠠᠰᠬᠠᠯ ᠤᠨ ᠡᠳᠦᠷ ᠤᠨ | ᠲᠠᠰᠢᠷᠠᠮ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠬᠢᠨ ᠯᠸᠢ ᠹᠧᠩ ᠤᠨ ᠢᠷᠠᠭᠤ ᠠᠯᠳᠠᠷᠲᠤ ᠦᠢᠯᠡ ᠠᠵᠢᠯᠯᠠᠭ᠎ᠠ ᠶᠢ ᠤᠯᠠᠮ ᠨᠢᠭᠡ | ᠠᠯᠬᠤᠮ ᠰᠤᠷᠤᠯᠴᠠᠵᠤ᠂ ᠯᠸᠢ ᠹᠧᠩ ᠤᠨ ︽ᠪᠦᠯᠬᠦᠮᠳᠡᠯ ᠲᠠᠢ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ | ᠬᠤᠪᠢ ᠨᠡᠮᠡᠷᠢ ᠦᠵᠡᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ | ︽ᠯᠸᠢ ᠹᠧᠩ ᠠᠴᠠ ᠰᠤᠷᠤᠯᠴᠠᠵᠤ᠂ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ︾ ᠭᠤᠤᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠤᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠪᠠᠭ ᠤᠨ ᠪᠦᠷᠢᠯᠳᠦᠬᠦᠨ | ᠨᠡᠷ ᠶᠡᠭᠡ ᠠᠩᠭᠢ ᠶᠢᠨ ᠡᠪᠡᠳᠴᠢᠨ ᠲᠠᠢ ᠠᠵᠢᠯᠲᠠᠨ ᠠᠵᠢᠯᠴᠢᠨ ᠢ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ | ᠮᠥᠩᠭᠦ ᠪᠣᠯᠤᠨ ᠬᠠᠯᠠᠭᠤᠨ ᠳᠣᠲᠣᠨᠣ ᠬᠠᠯᠠᠮᠵᠢᠯᠠᠯ ᠢ ᠬᠦᠷᠭᠡᠵᠡᠶ᠃ ᠶᠡᠭᠡ ᠠᠩᠭᠢ ᠶᠢᠨ ᠬᠠᠷᠢᠭᠤᠴᠠᠯᠭᠠᠲᠠᠨ ᠰᠢᠩ | ᠲᠤᠤ ᠡᠪᠡᠳᠴᠢᠯᠡᠭᠰᠡᠨ ᠠᠵᠢᠯᠲᠠᠳ ᠲᠤ ᠬᠠᠮᠲᠤ ᠠᠵᠢᠯᠯᠠᠭᠰᠠᠳ ᠤᠨ ᠢᠶᠠᠨ ᠮᠡᠨᠳᠦᠴᠢᠯᠡᠯ ᠢ ᠳᠠᠮᠵᠢᠭᠤᠯᠵᠤ᠂ ᠲᠡᠳᠡᠨ ᠤ | ᠡᠪᠡᠳᠴᠢᠯᠡᠭᠰᠡᠨ ᠪᠠᠶᠢᠳᠠᠯ ᠵᠢᠴᠢ ᠦᠷᠭᠦᠯᠵᠢᠯᠡᠨ ᠡᠮᠴᠢᠯᠡᠬᠦ ᠶᠠᠪᠤᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ | ᠲᠡᠳᠡᠨ ᠢ ᠪᠠᠶᠠᠰᠤᠩᠭᠤᠶ ᠥᠭᠡᠳᠡᠷᠬᠡᠭ ᠪᠠᠶᠢᠵᠤ᠂ ᠢᠳᠡᠪᠬᠢᠲᠡᠶ ᠣᠪᠣᠷ ᠢᠶᠠᠷ ᠡᠪᠡᠳᠴᠢᠨ ᠡᠮᠭᠡᠭ ᠲᠤ ᠬᠠᠨᠳᠤᠵᠤ᠂ | ᠰᠢᠨᠵᠢᠯᠡᠬᠦ ᠤᠬᠠᠭᠠᠨᠴᠢ ᠠᠷᠭ᠎ᠠ ᠪᠠᠷ ᠡᠪᠡᠳᠴᠢᠨ ᠡᠮᠭᠡᠭ ᠢ ᠢᠯᠠᠨ ᠳᠠᠪᠠᠵᠤ᠂ ᠬᠦᠴᠢᠷᠳᠡᠯ ᠪᠠ ᠱᠠᠭᠠᠷᠳᠠᠯᠭ᠎ᠠ ᠲᠠᠢ ᠪᠣᠯ | ᠬᠡᠵᠢᠶ᠎ᠡ ᠴᠦ ᠭᠡᠰᠡᠨ ᠵᠣᠬᠢᠶᠠᠨ ᠪᠠᠶᠢᠭᠤᠯᠤᠯᠲᠠ ᠶᠢ ᠡᠷᠢᠵᠦ ᠪᠣᠯᠤᠨ᠎ᠠ ᠭᠡᠵᠦ ᠵᠣᠷᠢᠭᠵᠢᠭᠤᠯᠵᠠᠶ᠃ ᠡᠪᠡᠳᠴᠢᠨ ᠲᠠᠢ | ᠠᠵᠢᠯᠳᠠᠨ ᠠᠵᠢᠯᠴᠢᠨ ᠨᠠᠮ ᠤᠨ ᠡᠭᠦᠷ ᠤᠨ ᠬᠠᠯᠠᠭᠤᠨ ᠳᠤᠯᠠᠭᠠᠨ ᠢ ᠦᠨᠡᠨ ᠰᠡᠳᠬᠢᠯ ᠠᠴᠠ ᠪᠠᠨ ᠮᠡᠳᠡᠷᠡᠵᠦ᠂ | ᠤᠯᠠᠨ ᠤ ᠲᠣᠬᠤᠨᠢᠭᠤᠯᠤᠯ ᠪᠠ ᠰᠠᠨᠠᠭᠠᠰᠢᠷᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠥᠭᠡᠳ | ᠪᠡᠶ᠎ᠡ ᠪᠠᠨ ᠰᠠᠶᠢᠲᠤᠷ ᠰᠤᠪᠢᠯᠠᠵᠤ᠂ ᠡᠷᠲᠡᠬᠡᠨ ᠠᠵᠢᠯ ᠤᠨ ᠪᠠᠶᠢᠷᠢ ᠳᠠᠭᠠᠨ ᠪᠤᠴᠠᠵᠤ᠂ ᠤᠯᠠᠨ ᠲᠠᠢ ᠬᠠᠮᠲᠤ | ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠪᠠᠷ ᠴᠢᠷᠮᠠᠶᠢᠨ᠎ᠠ ᠭᠡᠵᠦ ᠢᠯᠡᠳᠬᠡᠵᠡᠢ᠃ | ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠨᠠᠮ ᠤᠨ ᠡᠭᠦᠷ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ | ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠯᠸᠢ ᠹᠧᠩ ᠤᠨ ᠵᠣᠷᠢᠭ ᠰᠠᠨᠠᠭ᠎ᠠ ᠶᠢ ᠠᠵᠢᠯᠳᠠᠨ ᠠᠵᠢᠯᠴᠢᠨ ᠤ | ᠠᠮᠢᠳᠤᠷᠠᠯ ᠳᠤ ᠦᠢᠯᠡᠴᠢᠯᠡᠬᠦ ᠲᠠᠯ᠎ᠠ ᠪᠦᠬᠦᠨ ᠳᠤ ᠠᠭᠤᠰᠬᠠᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠢ | ᠬᠥᠲᠥᠯᠥᠨ ᠵᠢᠯᠣᠭᠤᠳᠴᠤ ᠪᠠᠶᠢᠭᠠᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠦᠨᠡᠨᠴᠢ ᠰᠢᠳᠤᠷᠭᠤ ᠪᠠᠷ | ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠶᠢ ᠡᠭᠦᠳᠦᠨ ᠪᠣᠳᠠᠲᠠᠶ ᠠᠵᠢᠯᠯᠠᠵᠤ᠂ ᠭᠤᠶᠠᠴᠢ ᠦᠭᠡᠢ ᠵᠢᠳᠬᠦᠭᠦᠯᠵᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠲᠠᠪᠠᠯᠳᠠᠳᠤ ᠮᠠᠶ᠋ᠢᠭ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠬᠦ ᠪᠣᠯᠭᠠᠨ᠎ᠠ᠃ | |