4 ᠰᠠᠷ᠎ᠠ ᠶᠢᠨ 17 ᠤ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠶᠤᠸᠠᠢ ᠭᠦᠸᠧ ᠳ᠋ᠦᠩ ᠬᠤᠲᠠ ᠶᠢᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠤᠨ | ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠯᠢ ᡁᠢ ᠳ᠋ᠦᠩ᠂ ᠭᠦᠸᠧ ᠰᠢᠶᠤᠤ ᠹᠠᠩ᠂ ᠸᠧᠶ ᠬᠤᠩ ᠢᠦᠶ᠂ ᠵᠢᠶᠤᠤ ᠵᠢᠶᠧ᠂ ᠴᠧᠩ ᠭᠦᠸᠧ ᠪᠢᠨ᠂ ᠰᠥᠩ | ᠵᠢᠶ ᠰᠢᠶᠠᠩ᠂ ᠹᠠᠨ ᠱᠣᠤ ᠬᠤᠸᠠ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠤᠳᠠ ᠶᠢᠨ | ᠠᠵᠤ ᠠᠬᠤᠢ ᠶᠢᠨ ᠠᠵᠢᠯᠯᠠᠭᠠᠨ ᠤ ᠬᠠᠮᠢᠶ᠎ᠠ ᠪᠦᠬᠦᠢ ᠪᠠᠶᠢᠳᠠᠯ ᠢ ᠨᠡᠶᠢᠲᠡᠯᠡᠵᠡᠢ᠃ | ᠬᠤᠷᠠᠯ ᠠᠴᠠ᠂ ᠵᠢᠯ ᠤᠨ ᠡᠬᠢᠨ ᠠᠴᠠ ᠨᠠᠰᠢ᠂ ᠪᠢᠳᠡ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ | ᠬᠤᠳᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠣᠭᠤᠮᠲᠠ ᠶᠢᠨ ᠠᠵᠤ ᠠᠬᠤᠢ ᠶᠢᠨ ᠰᠡᠷᠭᠦᠨ | ᠮᠠᠨᠳᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠵᠡᠢ᠃ ᠬᠤᠶᠠᠳᠤᠭᠠᠷ ᠤᠯᠠᠷᠢᠯ ᠪᠣᠯ ᠪᠦᠬᠦ ᠵᠢᠯ ᠤᠨ ᠡᠭᠦᠷᠭᠡ ᠶᠢᠨ ᠰᠢᠢᠳᠪᠦᠷᠢᠲᠦ | ᠢᠯᠠᠯᠲᠠ ᠶᠢ ᠤᠯᠬᠤ ᠵᠠᠩᠭᠢᠯᠠᠭ᠎ᠠ ᠶᠢᠨ ᠱᠠᠳᠤ ᠦᠶ᠎ᠡ ᠪᠣᠯᠤᠨ᠎ᠠ᠂ ᠡᠷᠬᠡᠪᠰᠢ ᠴᠠᠭ ᠲᠣᠬᠢᠶᠠᠯ ᠢ ᠠᠮᠵᠢᠵᠤ᠂ | ᠭᠤᠣᠯᠳᠠᠯᠭ᠎ᠠ ᠶᠢ ᠲᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠪᠣᠭᠤᠮᠲᠠ ᠶᠢᠨ ᠲᠠᠷᠬᠠᠭᠠᠨ ᠲᠡᠭᠡᠭᠡᠪᠦᠷᠢᠯᠡᠬᠦ ᠴᠢᠳᠠᠪᠬᠢ ᠶᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠨᠡᠭᠡᠭᠡᠯᠳᠡ ᠶᠢᠨ | ᠲᠠᠪᠴᠠᠩ ᠢ ᠬᠥᠭᠵᠢᠭᠡᠵᠦ᠂ ᠣᠳᠣᠬᠠᠨ ᠤ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠵᠦ᠂ ᠪᠡᠶᠡᠯᠡᠭᠦᠯᠬᠦ ᠴᠠᠭ᠂ ᠡᠭᠦᠷᠭᠡ ᠶᠢᠨ ︽ᠬᠠᠭᠠᠰ ᠢ ᠳᠠᠪᠠᠭ᠋ᠤ︾ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠳ ᠨᠢᠭᠡ ᠪᠠᠷ ᠪᠠᠶᠢᠴᠠᠭᠠᠨ ᠡᠮᠬᠢᠯᠡᠵᠦ᠂ | ᠪᠣᠭᠤᠮᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠤᠬᠢᠷᠠᠭᠤᠯᠭ᠎ᠠ ᠶᠢᠨ ᠪᠠᠲᠤᠯᠠᠭ᠎ᠠ ᠶᠢ ᠪᠦᠬᠦ ᠲᠠᠯ᠎ᠠ ᠪᠠᠷ | ᠰᠠᠶᠢᠲᠤᠷ ᠬᠢᠵᠦ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠢ ᠳᠤ ᠨᠠᠶᠢᠳᠠᠪᠤᠷᠢᠵᠢᠭᠤᠯᠤᠨ | ᠪᠣᠯᠪᠠᠰᠤᠷᠠᠭᠤᠯᠬᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠣᠶᠣᠯ ᠵᠤᠭᠠᠴᠠᠯ ᠵᠡᠷᠭᠡ ᠠᠵᠤ ᠦᠢᠯᠡᠰ ᠤᠨ | ᠲᠣᠭᠤᠷᠢᠨ ᠳᠤ ᠨᠢᠭᠡ ᠪᠦᠯᠦᠭ ᠰᠢᠯᠢᠳᠡᠭ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ | ᠬᠡᠷᠡᠭᠲᠡᠢ᠃ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠱᠠᠯᠠᠪᠳᠠᠨ ᠨᠠᠶᠢᠷᠠᠭᠤᠯᠤᠨ ᠲᠡᠭᠦᠯᠳᠡᠷᠵᠢᠭᠦᠯᠵᠦ᠂ ᠡᠬᠡ ᠬᠠᠭᠤᠷᠠᠶ ᠶᠢᠨ ᠭᠠᠷᠠᠮ ᠤᠨ ᠲᠥᠷᠥᠯ | ᠵᠦᠶ᠋ᠯ ᠤᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠬᠡᠨ ᠡᠬᠢᠯᠡᠭᠦᠯᠵᠦ᠂ ᠤᠯᠤᠰ ᠤᠨ | ᠶᠡᠭᠡ ᠬᠡᠮᠵᠢᠶᠡᠨ ᠤ ᠲᠠᠸᠠᠷ ᠤᠨ ᠪᠠᠶᠢᠯᠳᠤᠬᠤ ᠪᠣᠳᠣᠯᠭ᠎ᠠ ᠶᠢᠨ ᠬᠠᠳᠠᠭᠠᠯᠠᠵᠤ ᠲᠡᠭᠡᠭᠡᠪᠦᠷᠢᠯᠡᠬᠦ ᠰᠠᠭᠤᠷᠢᠨ ᠭᠠᠵᠠᠷ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠨᠡᠶᠢᠯᠡᠭᠦᠯᠵᠦ ᠤᠭᠰᠠᠷᠠᠬᠤ ᠴᠤᠭᠯᠠᠷᠠᠭᠤᠯᠬᠤ ᠲᠥᠪ | ᠵᠡᠷᠭᠡ ᠲᠥᠷᠥᠯ ᠵᠦᠶ᠋ᠯ ᠢ ᠬᠢᠨᠠᠮᠠᠭᠠᠶ ᠲᠥᠯᠥᠪᠯᠡᠬᠦ ᠬᠡᠷᠡᠭᠲᠡᠶ᠃ ᠡᠯ᠎ᠡ ᠨᠡᠭᠡᠭᠡᠯᠲᠡ ᠶᠢᠨ ᠲᠣᠭᠤᠷᠢᠭ ᠨᠢ ᠲᠣᠰ ᠪᠡᠶ᠎ᠡ ᠶᠢᠨ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠠᠪᠠᠭᠤᠯᠢᠭ ᠣᠨᠴᠠᠯᠢᠭ ᠲᠠᠢ ᠠᠵᠤ | ᠦᠢᠯᠡᠰ ᠤᠨ ᠰᠦᠷᠦᠭᠵᠢᠯ ᠢ ᠪᠤᠶᠢᠵᠢᠭᠤᠯᠬᠤᠴᠠᠭ ᠤᠯᠠᠷᠢᠯ ᠢ ᠠᠮᠵᠢᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠ | ᠲᠥᠯ ᠲᠤᠰᠴᠤ ᠪᠤᠶᠢᠵᠢᠭᠤᠯᠬᠤ ᠵᠡᠷᠭᠡ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠪᠥᠬᠦ ᠵᠢᠯ ᠤᠨ ᠲᠠᠷᠢᠶᠠᠯᠠᠩ ᠮᠠᠯ | ᠠᠵᠤ ᠠᠬᠤᠶ ᠶᠢᠨ ᠬᠥᠭᠵᠢᠯᠲᠡ ᠳᠤ ᠰᠠᠭᠤᠷᠢ ᠲᠠᠯᠪᠢᠬᠤ ᠬᠡᠷᠡᠭᠲᠡᠶ᠃ ᠮᠠᠯ ᠠᠵᠤ ᠠᠬᠤᠢ ᠲᠠᠷᠢᠶᠠᠯᠠᠩ ᠤᠨ ᠨᠡᠮᠡᠭᠳᠡᠯ | ᠶᠠᠰᠤ ᠴᠢᠨᠠᠷ ᠢ ᠨᠡᠮᠡᠭᠳᠡᠭᠦᠯᠬᠦ ᠶᠢᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠬᠤᠯᠪᠣᠭᠳᠠᠯ | ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ | ᠬᠦᠯᠢᠶᠡᠬᠦ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃ |