︽ᠵᠢᠷᠤᠮᠵᠢᠭᠤᠨ᠂ ᠴᠣᠮᠬᠠᠨ ᠴᠢᠨᠠᠷᠵᠢᠭᠤᠨ᠂ ᠬᠤᠷᠳᠤᠨ ᠪᠣᠯᠭᠠᠬᠤ︾ ᠬᠠᠷᠠᠯᠲᠠ ᠶᠢ ᠪᠡᠶᠡᠯᠡᠭᠦᠯᠬᠦ ᠶᠢᠨ | ᠲᠤᠰᠠᠳᠠ᠂ ︽ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠦᠷᠦᠭᠦᠬᠡᠨ ᠮᠠᠨᠵᠤᠤᠷ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠳᠠᠷᠦ᠋ᠢᠬᠠᠨ | ᠲᠤᠬᠠᠶᠢᠯᠠᠭᠰᠠᠨ ᠠᠵᠢᠯ ᠤᠨ ᠠᠵᠢᠯᠲᠠᠳ ᠢᠶᠠᠨ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ ᠲᠤᠬᠠᠶᠢᠯᠠᠭᠰᠠᠨ ᠠᠵᠢᠯ ᠤᠨ ᠠᠭᠤᠯᠭ᠎ᠠ ᠪᠠᠨ | ᠰᠢᠯᠢᠳᠡᠭᠵᠢᠭᠦᠯᠵᠡᠢ᠃ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠵᠡᠩᠨᠡᠭᠴᠢ ᠶᠢᠨ ᠡᠵᠡᠩᠨᠡᠯᠲᠡ ᠶᠢᠨ ᠦᠨᠡᠮᠯᠡᠯ ᠪᠤᠶᠤ ᠭᠤᠣᠯ | ᠴᠣᠭᠴᠠ ᠶᠢᠨ ᠬᠢᠷᠢ ᠬᠡᠮ ᠢ ᠭᠡᠷᠡᠴᠢᠯᠡᠬᠦ ᠪᠤᠰᠤᠳ ᠪᠢᠴᠢᠭ ᠮᠠᠲ᠋ᠧᠷᠢᠶᠠᠯ ᠤᠳ ᠤᠨ ᠬᠠᠭᠤᠯᠪᠤᠷᠢ ᠶᠢ ᠠᠪᠬᠤ ᠦᠭᠡᠢ | ᠪᠣᠯᠪᠠ᠃ ᠢᠳᠡᠭᠡᠨ ᠤ ᠠᠮᠤᠷ ᠲᠦᠪᠰᠢᠨ ᠤ ᠳᠦᠷᠢᠮ ᠢᠶᠠᠨ ᠬᠠᠩᠭᠠᠬᠤ ᠴᠢᠬᠤᠯᠠᠲᠠᠢ ᠪᠠᠶᠢᠭᠰᠠᠨ ᠢ ᠢᠳᠡᠭᠡᠨ ᠤ ᠠᠮᠤᠷ | ᠲᠦᠪᠰᠢᠨ ᠤ ᠳᠦᠷᠢᠮ ᠤᠨ ᠭᠠᠷᠴᠠᠭ ᠰᠣᠩᠭᠤᠨ ᠲᠠᠭᠯᠠᠬᠤ ᠪᠣᠯᠭᠠᠨ ᠥᠭᠡᠷᠡᠴᠢᠯᠡᠵᠦ᠂ ᠭᠤᠶᠤᠴᠢᠯᠠᠭᠴᠢ ᠲᠣᠰ | ᠵᠦᠢᠯ ᠤᠨ ᠮᠠᠲ᠋ᠧᠷᠢᠶᠠᠯ ᠢᠶᠠᠨ ᠭᠤᠶᠤᠴᠢᠯᠠᠬᠤ ᠦᠵᠦᠭᠦᠷ ᠰᠦᠯᠵᠢᠶᠡᠨ ᠳᠤ ᠣᠷᠤᠭᠤᠯᠬᠤ ᠴᠢᠬᠤᠯᠠ ᠦᠭᠡᠢ ᠪᠣᠯᠵᠠᠢ᠃ | ᠠᠬᠤᠢ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠦᠶᠡᠰ ᠲᠤ᠂ ᠬᠠᠷᠭᠤᠭᠤᠯᠤᠨ ᠪᠠᠶᠢᠴᠠᠭᠠᠬᠤ ᠱᠠᠭᠠᠷᠳᠠᠯᠭ᠎ᠠ | ᠶᠣᠰᠤᠭᠠᠷ ᠳᠦᠷᠢᠮ ᠤᠨ ᠪᠢᠴᠢᠭ ᠮᠠᠲ᠋ᠧᠷᠢᠶᠠᠯ ᠢ ᠪᠠᠶᠢᠴᠠᠭᠠᠨ᠎ᠠ᠃ | ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 9 ᠡᠳᠦᠷ | ᠪᠠᠶᠢᠭᠰᠠᠨ ᠠᠴᠠ 7 ᠡᠳᠦᠷ ᠪᠣᠯᠭᠠᠨ ᠪᠣᠭᠤᠨᠢᠰᠬᠠᠵᠠᠢ᠂ ᠡᠭᠦᠨ ᠳᠤ ᠭᠥᠯᠢᠶᠡᠨ ᠠᠪᠴᠤ ᠰᠢᠢᠳᠪᠦᠷᠢᠯᠡᠬᠦ ᠪᠠ | ᠮᠠᠲ᠋ᠧᠷᠢᠶᠠᠯ ᠢ ᠬᠢᠨᠠᠨ ᠪᠠᠶᠢᠴᠠᠭᠠᠬᠤ ᠶᠠᠪᠤᠴᠠ ᠶᠢ ᠬᠠᠮᠲᠤᠳᠬᠠᠭᠠᠳ 1 ᠡᠳᠦᠷ ᠪᠣᠯᠭᠠᠵᠤ᠂ ᠠᠬᠤᠢ ᠲᠠᠯᠠᠪᠠᠢ ᠳᠤ | ᠬᠠᠷᠭᠤᠭᠤᠯᠤᠨ ᠪᠠᠶᠢᠴᠠᠭᠠᠬᠤ ᠴᠠᠭ ᠢ 5 ᠡᠳᠦᠷ ᠪᠠᠶᠢᠭᠰᠠᠨ ᠠᠴᠠ 4 ᠡᠳᠦᠷ ᠪᠣᠯᠭᠠᠨ ᠰᠢᠯᠢᠳᠡᠭᠵᠢᠭᠦᠯᠪᠡ᠃ | ᠳᠠᠷᠠᠭᠠᠴᠢ ᠪᠠᠷ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶᠠᠨ ᠠᠴᠠ ᠠᠵᠢᠯ ᠶᠠᠪᠤᠳᠠᠯ ᠭᠦᠢᠴᠡᠳᠭᠡᠬᠦ ᠴᠣᠪᠤᠷᠠᠯ ᠢᠶᠠᠨ ᠦᠷᠭᠦᠯᠵᠢᠯᠡᠨ | ᠰᠢᠯᠢᠳᠡᠭᠵᠢᠭᠦᠯᠵᠦ᠂ ᠨᠠᠷᠢᠯᠢᠭ ᠨᠢᠮᠪᠠᠢ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠨᠢ ᠨᠠᠩ ᠰᠡᠳᠬᠢᠯ ᠠᠮᠤᠷ᠂ ᠨᠠᠩ ᠳᠥᠭᠦᠮ | ᠳᠥᠲᠡ᠂ ᠨᠠᠩ ᠥᠨᠳᠥᠷ ᠦᠷ᠎ᠡ ᠪᠦᠲᠦᠮᠵᠢ ᠲᠠᠢ ᠪᠣᠯᠭᠠᠨ᠂ ᠲᠡᠳᠡᠨ ᠳᠤ ᠬᠤᠷᠳᠤᠨ᠂ ᠬᠠᠯᠠᠭᠤᠮᠰᠤᠭ᠂ | ᠪᠦᠲᠦᠮᠵᠢᠲᠡᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠮᠡᠳᠡᠷᠡᠭᠦᠯᠵᠦ᠂ ᠣᠯᠠᠨ ᠲᠦᠮᠡᠨ ᠳᠤ | ᠲᠠᠭᠠᠰᠢᠶᠠᠭᠳᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠦᠷᠲᠡᠭᠡᠮᠵᠢ ᠶᠢᠨ | ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠮᠠᠨᠵᠤᠤᠷ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃ |