12 ᠰᠠᠷ᠎ᠠ ᠠᠴᠠ ᠡᠬᠢᠯᠡᠨ ᠡᠶᠢᠮᠦ ᠳ᠋ᠧᠩ ᠢ ᠬᠡᠷᠡᠭᠯᠡᠬᠦ ᠶᠢ ᠬᠤᠷᠢᠭᠯᠠᠨ᠎ᠠ︕ ᠡᠯ᠎ᠡ ᠭᠠᠵᠠᠷ ᠤᠨ ᠬᠢᠨ ᠤᠷᠢᠳᠴᠢᠯᠠᠨ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
  
2024/1/23
    ᠵᠠᠷᠢᠮ ᠬᠡᠲᠦ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠬᠤᠳᠠᠯᠳᠤᠭᠠᠴᠢᠳ ᠮᠢᠬᠠᠨ ᠤ ᠲᠥᠷᠥᠯ᠂ ᠵᠢᠮᠢᠰ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠳᠤ ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ ᠢ ᠬᠡᠷᠡᠭᠯᠡᠵᠦ ᠪᠠᠶᠢᠨ᠎ᠠ᠃ ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ ᠭᠡᠳᠡᠭ ᠨᠢ ᠨᠢᠭᠡ ᠵᠦᠢᠯ ᠤᠨ ᠬᠦᠢᠲᠡᠨ ᠭᠡᠷᠡᠯ ᠡᠭᠦᠰᠭᠡᠭᠴᠢ ᠭᠡᠷᠡᠯᠲᠦᠭᠦᠯᠭᠡ ᠶᠢᠨ ᠳ᠋ᠧᠩ ᠪᠣᠯᠤᠨ᠎ᠠ᠂ ᠣᠨᠴᠠᠭᠠᠶ ᠥᠩᠭᠡ ᠶᠢᠨ ᠭᠡᠷᠡᠯ ᠰᠠᠴᠤᠷᠠᠭᠤᠯᠬᠤ ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ ᠤᠨ ᠭᠡᠷᠡᠯᠲᠦᠭᠦᠯᠭᠡ ᠳᠣᠣᠷ᠎ᠠ᠂ ᠬᠥᠮᠦᠨ ᠤ ᠨᠢᠳᠦᠨ ᠳᠤ ᠦᠵᠡᠭᠳᠡᠬᠦ ᠪᠣᠳᠠᠰ ᠤᠨ ᠥᠩᠭᠡ ᠨᠢ ᠪᠠᠶᠢᠭᠠᠯᠢ ᠶᠢᠨ ᠭᠡᠷᠡᠯ ᠳᠣᠣᠷᠠᠬᠢ ᠥᠩᠭᠡ ᠠᠴᠠ ᠨᠡᠩ ᠰᠣᠷᠭᠤᠭ ᠪᠤᠯᠭᠠᠵᠤ᠂ ᠬᠡᠷᠡᠭᠯᠡᠭᠴᠢᠳ ᠤᠨ ᠬᠤᠳᠠᠯᠳᠤᠨ ᠠᠪᠬᠤ ᠬᠦᠰᠡᠯ ᠳᠤ ᠵᠤᠬᠢᠬᠤ ᠬᠡᠮᠵᠢᠶ᠎ᠡ ᠪᠠᠷ ᠰᠡᠳᠡᠯᠲᠡ ᠥᠭᠲᠡᠭ᠃          ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ 12 ᠰᠠᠷ᠎ᠠ ᠶᠢᠨ 1 ᠤ ᠡᠳᠦᠷ ᠠᠴᠠ ᠡᠬᠢᠯᠡᠨ ᠲᠦᠭᠦᠬᠡᠶ ᠰᠢᠨ᠎ᠡ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠳᠠᠭᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠨᠡᠨ ᠪᠣᠳᠠᠲᠠᠶ ᠥᠩᠭᠡ ᠪᠤᠳᠤᠭ ᠤᠨ ᠲᠤᠬᠠᠢ ᠰᠡᠷᠡᠯ ᠤᠨ ᠡᠷᠬᠡᠲᠡᠨ ᠢ ᠢᠯᠡᠳᠲᠡ ᠨᠦᠯᠦᠭᠡᠯᠡᠬᠦ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠬᠡᠷᠡᠭᠯᠡᠵᠦ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠰᠢᠨ᠎ᠡ ᠲᠣᠭᠲᠠᠭᠠᠯ ᠢ ᠤᠳᠠᠯ ᠦᠭᠡᠶ ᠬᠡᠷᠡᠭᠵᠢᠭᠦᠯᠬᠦ ᠭᠡᠵᠦ ᠪᠠᠶᠢᠭ᠎ᠠ ᠦᠶ᠎ᠡ ᠳᠤ᠂ ᠵᠢᠶᠠᠩᠰᠦ᠂ ᠵᠧᠵᠢᠶᠠᠩ᠂ ᠱᠠᠩᠬᠠᠶ ᠵᠡᠷᠭᠡ ᠭᠠᠵᠠᠷ ᠤᠨ ᠬᠢᠨ ᠳ᠋ᠧᠩ ᠢ ᠭᠡᠷᠡᠭᠯᠡᠬᠦ ᠪᠠᠨ ᠪᠤᠯᠢᠬᠰᠠᠨ ᠤ ᠬᠠᠮᠲᠤ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠰᠣᠷᠭᠤᠭ ᠦᠡᠭᠭᠡ ᠪᠠᠷ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃          ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠲᠣᠭᠲᠠᠭᠠᠯ ᠢ ᠦᠨᠳᠦᠰᠦᠯᠡᠪᠡᠯ᠂ 12 ᠰᠠᠷ᠎ᠠ ᠶᠢᠨ 1 ᠤ ᠡᠳᠦᠷ ᠠᠴᠠ ᠡᠬᠢᠯᠡᠨ ᠬᠤᠳᠠᠯᠳᠤᠭᠠᠴᠢᠳ ᠲᠣᠭᠲᠠᠭᠠᠯ ᠠᠴᠠ ᠵᠥᠷᠢᠴᠡᠨ ᠲᠦᠭᠦᠭᠡᠢ ᠢᠳᠡᠭᠡᠨ ᠤ ᠰᠢᠨ᠎ᠡ ᠰᠣᠷᠭᠤᠭ ᠢ ᠪᠠᠳᠤᠯᠠᠬᠤ ᠳ᠋ᠧᠩ ᠬᠡᠷᠡᠭᠯᠡᠬᠦ ᠮᠥᠷᠲᠡᠭᠡᠨ ᠵᠠᠯᠠᠷᠠᠭᠤᠯᠬᠤ ᠥᠬᠡᠶ ᠳᠤ ᠬᠦᠷᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠣᠯᠤᠨ᠎ᠠ᠃   
  ᠠᠷᠠᠳ ᠤᠨ ᠮᠤᠩᠭᠤᠯ ᠰᠦᠯᠵᠢᠶ᠎ᠡ