ᠴᠠᠭᠠᠨ ᠯᠤᠤᠪᠠᠩ ᠢᠳᠡᠪᠡᠯ ᠶᠠᠮᠠᠷ ᠰᠠᠶᠢᠨ ᠲᠠᠯ᠎ᠠ ᠲᠠᠢ ᠪᠤᠢ︖
  
2024/2/20
    ᠮᠠᠷᠢᠶ᠎ᠠ ᠰᠢᠭᠤᠷᠠᠭᠤᠯᠬᠤ᠃ ᠴᠠᠭᠠᠨ ᠯᠤᠤᠪᠠᠩ ᠤᠨ ᠠᠭᠤᠯᠬᠤ ᠢᠯᠴᠢ ᠶᠢᠨ ᠬᠡᠮᠵᠢᠶ᠎ᠡ ᠨᠢ ᠨᠡᠯᠢᠶᠡᠳ ᠪᠠᠭ᠎ᠠ᠂ ᠰᠢᠷᠬᠡᠭᠯᠢᠭ ᠡᠳ᠋ ᠨᠡᠯᠢᠶᠡᠳ ᠠᠷᠪᠢᠨ᠂ ᠢᠳᠡᠭᠰᠡᠨ ᠤ ᠳᠠᠷᠠᠭ᠎ᠠ ᠠᠮᠠᠷᠬᠠᠨ ᠴᠢᠨᠦᠷᠡᠬᠦ ᠲᠥᠷᠥᠭᠳᠡᠯ ᠭᠠᠷᠴᠤ᠂ ᠮᠠᠷᠢᠶ᠎ᠠ ᠪᠠᠨ ᠰᠢᠭᠤᠷᠠᠭᠤᠯᠬᠤ ᠳᠤ ᠲᠤᠰᠠᠲᠠᠢ ᠪᠠᠶᠢᠳᠠᠭ᠃ ᠠᠭᠤᠯᠵᠤ ᠪᠠᠶᠢᠭ᠎ᠠ ᠭᠠᠶᠢᠮᠤ ᠶᠢᠨ ᠲᠣᠰᠣ ᠪᠠ ᠢᠳᠡᠭᠡᠨ ᠤ ᠰᠢᠷᠬᠡᠭᠯᠢᠭ ᠨᠢ ᠴᠥᠮ ᠬᠤᠳᠣᠭᠤᠳᠤ ᠭᠡᠳᠡᠰᠦᠨ ᠤ ᠭᠦᠷᠪᠡᠯᠵᠡᠬᠦ ᠬᠥᠳᠡᠯᠭᠡᠭᠡᠨ ᠢ ᠠᠬᠢᠭᠤᠯᠵᠤ᠂ ᠪᠡᠶ᠎ᠡ ᠶᠢᠨ ᠳᠣᠲᠣᠭᠠᠳᠤ ᠶᠢᠨ ᠰᠣᠯᠢᠯᠴᠠᠭ᠎ᠠ ᠶᠢ ᠠᠬᠢᠭᠤᠯᠵᠤ᠂ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠳᠤ ᠲᠤᠰᠠᠲᠠᠢ᠃        ᠠᠷᠠᠰᠤ ᠶᠢ ᠬᠠᠮᠠᠭᠠᠯᠠᠬᠤ᠃ᠴᠠᠭᠠᠨ ᠯᠤᠤᠪᠠᠩ ᠳᠤ ᠸᠢᠲ᠋ᠠᠮᠢᠨ C ᠡᠯᠪᠡᠭ ᠠᠭᠤᠯᠵᠤ᠂ ᠴᠠᠶᠢᠷᠠᠭᠤᠯᠬᠤ ᠦᠢᠯᠡᠳᠦᠯ ᠮᠠᠰᠢ ᠰᠠᠶᠢᠨ᠃ ᠸᠢᠲ᠋ᠠᠮᠢᠨ C ᠪᠣᠯ ᠢᠰᠦᠯᠳᠦᠬᠦ ᠶᠢ ᠡᠰᠡᠷᠭᠦᠴᠡᠬᠦ ᠡᠳ᠋ ᠮᠥᠨ᠂ ᠲᠡᠷᠡ ᠨᠢ ᠬᠠᠷ᠎ᠠ ᠥᠩᠭᠡᠨ ᠤ ᠡᠳ᠋ ᠤᠨ ᠨᠡᠶᠢᠯᠡᠯᠲᠡ ᠶᠢ ᠬᠤᠷᠢᠭᠯᠠᠵᠤ᠂ ᠥᠭᠡᠬᠦ ᠶᠢᠨ ᠢᠰᠦᠯᠳᠦᠬᠦ ᠶᠢ ᠬᠤᠷᠢᠭᠯᠠᠳᠠᠭ᠃ ᠡᠶᠢᠮᠦ ᠠᠴᠠ ᠦᠷᠭᠦᠯᠵᠢ ᠴᠠᠭᠠᠨ ᠯᠤᠤᠪᠠᠩ ᠢᠳᠡᠪᠡᠯ ᠠᠷᠠᠰᠤ ᠪᠠᠨ ᠬᠠᠮᠠᠭᠠᠯᠠᠬᠤ ᠳᠤ ᠲᠤᠰᠠᠲᠠᠢ ᠪᠠᠶᠢᠳᠠᠭ᠃       ᠬᠡᠢ ᠶᠢ ᠨᠡᠪᠲᠡᠷᠡᠭᠦᠯᠬᠦ᠃ ᠴᠠᠭᠠᠨ ᠯᠤᠤᠪᠠᠩ ᠢᠳᠡᠪᠡᠯ ᠬᠤᠳᠣᠭᠤᠳᠤ ᠭᠡᠳᠡᠰᠦ ᠶᠢ ᠤᠯᠠᠮ ᠢᠯᠭᠤᠮ ᠪᠣᠯᠭᠠᠳᠠᠭ᠂ ᠥᠭᠡᠷ᠎ᠡ ᠪᠠᠷ ᠬᠡᠯᠡᠪᠡᠯ ᠬᠡᠢ ᠶᠢ ᠨᠡᠪᠲᠡᠷᠡᠭᠦᠯᠳᠡᠭ᠃ ᠶᠠᠭᠠᠬᠢᠭᠠᠳ ᠴᠠᠭᠠᠨ ᠯᠤᠤᠪᠠᠩ ᠬᠡᠢ ᠶᠢ ᠨᠡᠪᠲᠡᠷᠡᠭᠦᠯᠬᠦ ᠦᠢᠯᠡᠳᠦᠯ ᠲᠠᠢ ᠪᠠᠶᠢᠳᠠᠭ ᠪᠤᠢ︖ ᠭᠡᠪᠡᠯ ᠴᠠᠭᠠᠨ ᠯᠤᠤᠪᠠᠩ ᠳᠤ ᠬᠤᠶᠠᠷ ᠵᠦᠢᠯ ᠤᠨ ᠤᠨᠴᠠᠭᠠᠢ ᠪᠦᠷᠢᠯᠳᠦᠭᠦᠨ ᠪᠠᠶᠢᠳᠠᠭ᠄ ᠨᠢᠭᠡ ᠨᠢ ᠳᠡᠭᠳᠡᠮᠡᠬᠡᠢ ᠴᠢᠨᠠᠷᠲᠠᠢ ᠲᠣᠰᠣ - ᠭᠠᠶᠢᠮᠤ ᠶᠢᠨ ᠦᠷ᠎ᠡ ᠶᠢᠨ ᠲᠣᠰᠣ᠂ ᠵᠠᠷᠢᠮ ᠯᠤᠤᠪᠠᠩ ᠨᠡᠯᠢᠶᠡᠳ ᠭᠤᠱᠤᠭᠤᠨ ᠪᠠᠶ᠋ᠢᠳᠠᠭ ᠤᠨ ᠰᠢᠯᠲᠠᠭᠠᠨ ᠨᠢ ᠡᠨᠡ᠃ ᠨᠥᠭᠦᠭᠡ ᠨᠢᠭᠡ ᠨᠢ ᠴᠠᠭᠠᠨ ᠯᠤᠤᠪᠠᠩ ᠤᠨ ᠳᠣᠲᠣᠷᠠᠬᠢ ᠢᠳᠡᠭᠡᠨ ᠤ ᠰᠢᠷᠬᠡᠭᠯᠢᠭ ᠡᠳ᠋ ᠪᠣᠯᠣᠨ᠎ᠠ᠃     ᠴᠠᠭᠠᠨ ᠯᠤᠤᠪᠠᠩ ᠢᠳᠡᠭᠰᠡᠨ ᠤ ᠳᠠᠷᠠᠭ᠎ᠠ᠂ ᠳᠡᠭᠡᠭᠰᠢ ᠳᠣᠷᠣᠭᠰᠢ ᠪᠦᠷ ᠨᠡᠪᠲᠡᠷᠡᠭᠦᠯᠳᠡᠭ - ᠳᠠᠷᠤᠢ ᠳᠡᠭᠡᠭᠰᠢ ᠪᠠᠨ ᠭᠡᠭᠡᠷᠡᠭᠦᠯᠵᠤ᠂ ᠳᠣᠷᠣᠭᠰᠢ ᠪᠠᠨ ᠭᠡᠳᠡᠰᠦᠨ ᠤ ᠭᠦᠷᠪᠡᠯᠵᠡᠯ ᠴᠢᠩᠭᠠᠷᠠᠳᠠᠭ᠃ ᠡᠶᠢᠮᠦ ᠠᠴᠠ ᠯᠤᠤᠪᠠᠩ ᠢᠳᠡᠭᠰᠡᠨ ᠤ ᠳᠠᠷᠠᠭ᠎ᠠ᠂ ᠪᠡᠶ᠎ᠡ ᠶᠢᠨ ᠰᠢᠩᠭᠡᠭᠡᠯᠲᠡ ᠬᠠᠷᠢᠴᠠᠩᠭᠤᠢ ᠪᠠᠷ ᠠᠮᠠᠷᠬᠠᠨ ᠪᠥᠭᠡᠳ ᠢᠯᠭᠤᠮ ᠪᠤᠯᠳᠠᠭ᠃          ᠠᠭᠤᠰᠬᠢ ᠶᠢ ᠬᠠᠮᠠᠭᠠᠯᠠᠬᠤ᠃ ᠠᠩᠭ᠍ᠯᠢ ᠶᠢᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠠᠭᠤᠰᠬᠢᠨ ᠤ ᠬᠠᠯᠳᠠᠪᠤᠷᠢᠯᠠᠯ ᠣᠯᠠᠨ ᠡᠭᠦᠰᠬᠦ ᠬᠤᠭᠤᠴᠠᠭᠠᠨ ᠳᠤ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠶᠢ ᠢᠯᠡᠭᠦᠦ ᠢᠳᠡᠪᠡᠯ ᠠᠭᠤᠰᠬᠢ ᠶᠢ ᠬᠠᠮᠠᠭᠠᠯᠠᠵᠤ᠂ ᠬᠠᠯᠳᠠᠪᠤᠷᠢᠯᠠᠯ ᠢ ᠪᠠᠭᠠᠰᠬᠠᠬᠤ ᠦᠢᠯᠡᠳᠦᠯ ᠲᠠᠢ᠂ ᠴᠠᠭᠠᠨ ᠯᠤᠤᠪᠠᠩ ᠪᠣᠯ ᠳᠠᠷᠤᠢ ᠲᠣᠭᠤᠨᠣᠯᠵᠢᠨ ᠴᠡᠴᠡᠭ ᠤᠨ ᠲᠦᠷᠦᠯ ᠤᠨ ᠢᠳᠡᠰᠢᠨ ᠨᠣᠭᠤᠭ᠎ᠠ ᠳᠤ ᠪᠠᠭᠲᠠᠨ᠎ᠠ᠃         ᠴᠠᠭᠠᠨ ᠯᠤᠤᠪᠠᠩ ᠢ ᠲᠦᠭᠦᠬᠡᠢ ᠪᠠᠷ ᠢᠳᠡᠬᠦ ᠤᠤ ᠪᠣᠯᠭᠤᠵᠤ ᠢᠳᠡᠬᠦ ᠤᠤ︖ ᠴᠠᠭᠠᠨ ᠯᠤᠤᠪᠠᠩ ᠢ ᠲᠦᠭᠦᠬᠡᠢ ᠪᠠᠷ ᠢᠳᠡᠵᠦ ᠪᠣᠯᠣᠨ᠎ᠠ᠂ ᠭᠡᠪᠡᠴᠦ ᠴᠠᠭᠠᠨ ᠯᠤᠤᠪᠠᠩ ᠤᠨ ᠳᠣᠲᠣᠷ᠎ᠠ ᠳᠡᠭᠳᠡᠮᠡᠬᠡᠢ ᠴᠢᠨᠠᠷᠲᠠᠢ ᠭᠠᠶᠢᠮᠤ ᠶᠢᠨ ᠨᠠᠶᠢᠷᠠᠯᠭ᠎ᠠ ᠶᠢᠨ ᠲᠣᠰᠣ ᠠᠭᠤᠯᠵᠤ ᠪᠠᠶᠢᠬᠤ ᠤᠴᠢᠷ ᠠᠴᠠ ᠭᠤᠱᠤᠭᠤᠨ ᠠᠮᠲᠠ ᠲᠠᠢ᠂ ᠵᠠᠷᠢᠮ ᠨᠠᠶᠢᠵᠠ ᠨᠠᠷ ᠡᠨᠡ ᠬᠦ ᠰᠡᠳᠦᠯᠲᠡ ᠶᠢ ᠲᠡᠰᠪᠦᠷᠢᠯᠡᠵᠦ ᠳᠡᠶᠢᠯᠭᠦ ᠦᠭᠡᠢ ᠪᠠᠶᠢᠵᠤ ᠮᠡᠳᠡᠨ᠎ᠡ᠃         ᠲᠦᠭᠦᠬᠡᠢ ᠪᠠᠷ ᠢᠳᠡᠬᠦ ᠨᠢ ᠴᠠᠭᠠᠨ ᠯᠤᠤᠪᠠᠩ ᠤᠨ ᠳᠣᠲᠣᠷᠠᠬᠢ ᠬᠥᠮᠥᠨ ᠤ ᠪᠡᠶ᠎ᠡ ᠳᠤ ᠠᠰᠢᠭᠲᠠᠢ ᠪᠦᠷᠢᠯᠳᠦᠭᠦᠨ ᠢ ᠨᠡᠩ ᠪᠦᠷᠢᠨ ᠪᠦᠲᠦᠨ ᠬᠠᠳᠠᠭᠠᠯᠠᠵᠤ᠂ ᠪᠣᠯᠭᠤᠵᠤ ᠢᠳᠡᠬᠦ ᠨᠢ ᠡᠨᠡ ᠬᠦ ᠠᠰᠢᠭᠲᠠᠢ ᠪᠦᠷᠢᠯᠳᠦᠭᠦᠨ ᠢ ᠠᠯᠳᠠᠭᠳᠠᠭᠤᠯᠵᠤ ᠮᠡᠳᠡᠳᠡᠭ᠃ ᠭᠡᠬᠦ ᠳᠡᠭᠡᠨ ᠪᠤᠯᠭᠤᠪᠡᠯ ᠭᠤᠱᠤᠭᠤᠨ ᠠᠮᠲᠠ ᠶᠢ ᠨᠢ ᠠᠷᠢᠯᠭᠠᠳᠠᠭ ᠠᠴᠠ ᠥᠪᠡᠷ ᠥᠪᠡᠷ ᠤᠨ ᠪᠠᠶᠢᠳᠠᠯ ᠠᠴᠠ ᠡᠭᠦᠰᠴᠦ ᠢᠳᠡᠬᠦ ᠠᠷᠭ᠎ᠠ ᠪᠠᠨ ᠰᠣᠩᠭᠤᠭᠠᠷᠠᠢ᠃      
  ᠠᠯᠠᠱᠨ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠠ