1. ᠲᠤᠲᠤᠷᠭ᠎ᠠ ᠪᠤᠳᠠᠭ᠎ᠠ + ᠬᠤᠯᠢᠮᠠᠭ ᠪᠤᠷᠴᠠᠭ︔ | ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠠᠷ᠎ᠠ | ᠪᠤᠷᠴᠠᠭ᠂ ᠪᠦᠷᠭᠦᠳ ᠤᠨ ᠬᠤᠰᠢᠭᠤᠲᠤ ᠪᠤᠷᠴᠠᠭ᠂ ᠠᠯᠠᠭ | ᠱᠣᠰᠢ᠂ᠬᠠᠷ᠎ᠠ ᠱᠣᠰᠢ ᠶᠢ ᠲᠤᠲᠤᠷᠭ᠎ᠠ ᠲᠠᠢ ᠬᠠᠮᠲᠤ ᠢᠳᠡᠪᠡᠯ | ᠬᠤᠭᠤᠯᠠᠨ ᠤ ᠳᠠᠷᠠᠭᠠᠬᠢ ᠴᠢᠰᠤᠨ ᠰᠢᠬᠢᠷ ᠤᠨ ᠤᠷᠪᠠᠯ ᠢ | ᠢᠯᠡᠳᠲᠡᠪᠠᠭᠤᠷᠠᠭᠤᠯᠤᠨᠠ᠂ ᠬᠠᠪᠲᠠᠭᠠᠶ ᠪᠤᠷᠴᠠᠭ ᠪᠤᠯᠤᠨ | ᠪᠤᠳᠠᠭ᠎ᠠ ᠶᠢ ᠬᠠᠭᠠᠰ ᠬᠠᠭᠠᠰ ᠬᠤᠯᠢᠵᠤ ᠵᠢᠩᠨᠡᠵᠦ ᠢᠳᠡᠪᠡᠯ᠂ | ᠬᠤᠭᠤᠯᠠᠨ ᠤ ᠲ᠋ᠠᠷᠠᠭᠠᠬᠢ ᠴᠢᠰᠤᠨ ᠰᠢᠬᠢᠷ ᠤᠨ ᠤᠷᠪᠠᠯ ᠢ | 20% ᠪᠠᠷ ᠪᠠᠭᠤᠷᠠᠭᠤᠯᠤᠨ᠎ᠠ᠃ | 2.ᠲᠤᠲᠤᠷᠭ᠎ᠠ ᠪᠤᠳᠠᠭ᠎ᠠ + ᠨᠣᠬᠠᠢ ᠶᠢᠨ ᠬᠤᠰᠢᠭᠤ ᠶᠢᠨ | ᠪᠤᠳᠠᠭ᠎ᠠ | ᠪᠦᠬᠦ ᠮᠥᠬᠦᠯᠢᠭᠲᠦ ᠨᠣᠬᠠᠶ ᠶᠢᠨ ᠬᠤᠰᠢᠭᠤ ᠪᠠ | ᠴᠠᠶᠢᠯᠭᠠᠬᠰᠠᠨ ᠨᠣᠬᠠᠶ ᠶᠢᠨ ᠬᠤᠰᠢᠭᠤ ᠶᠢ ᠲᠤᠰ ᠲᠤᠰ | ᠪᠤᠳᠠᠭ᠎ᠠ ᠳᠠᠭᠠᠨ1᠄1 ᠬᠠᠷᠢᠴᠠᠯ ᠢᠶᠠᠷ ᠬᠤᠯᠢᠵᠤ ᠴᠢᠨᠠᠬᠤ | ᠦᠶᠡᠰ᠂ ᠪᠠᠶᠢᠡᠭᠭᠤ ᠶᠢᠨ ᠲᠠᠷᠤᠯᠳᠠᠳᠦ ᠲᠤᠭᠤᠭᠠᠨ ᠳᠦ ᠴᠢᠨᠠᠬᠤ | ᠪᠤᠶᠤ | ᠦᠨᠳᠦᠷ ᠲᠠᠷᠤᠯᠳᠠᠳᠦ ᠲᠤᠭᠤᠭᠠᠨ ᠳᠤ ᠴᠢᠨᠠᠬᠤ ᠨᠢ ᠴᠢᠰᠦᠨ | ᠰᠢᠬᠢᠷ ᠢ ᠴᠢᠨᠢ ᠬᠢᠵᠠᠭᠠᠷᠯᠠᠵᠤ ᠴᠢᠳᠠᠨ᠎ᠠ᠃ | 3.ᠲᠤᠲᠤᠷᠭ᠎ᠠ ᠪᠤᠳᠠᠭ᠎ᠠ + ᠡᠷᠳᠡᠨᠢ ᠰᠢᠰᠢ︔ | ᠡᠷᠳᠡᠨᠢ ᠰᠢᠰᠢ ᠪᠠ ᠲᠤᠲᠤᠷᠭ᠎ᠠ ᠶᠢ ᠬᠤᠯᠢᠵᠦ ᠢᠳᠡᠪᠡᠯ | ᠴᠢᠰᠦᠨ ᠰᠢᠭᠢᠷ ᠢ ᠴᠢᠨᠢ ᠬᠢᠵᠠᠭᠠᠷᠯᠠᠵᠤ᠂ ᠬᠤᠭᠤᠯᠠᠨ ᠤ | ᠲ᠋ᠠᠷᠠᠭᠠᠬᠢ ᠴᠢᠰᠤᠨ ᠰᠢᠬᠢᠷ ᠤᠨ ᠳᠡᠭᠡᠭᠰᠢᠯᠡᠬᠦ ᠶᠢ | ᠤᠳᠠᠭᠠᠰᠢᠷᠠᠭᠤᠯᠳᠠᠭ᠃ ᠡᠭᠦᠨ ᠤ ᠬᠠᠮᠲᠤ ᠡᠷᠳᠡᠨᠢ ᠰᠢᠰᠢ ᠳᠤ | ᠪᠠᠰᠠ ᠡᠯᠪᠡᠭᠲ᠋ᠡᠯᠪᠡᠭ ᠢᠳᠡᠭᠡᠨ ᠤ ᠰᠢᠷᠬᠡᠭᠯᠢᠭ ᠡᠳ᠋᠂ | ᠸᠢᠲ᠋ᠠᠮᠢᠨ B ᠶᠢᠨ ᠠᠶᠢᠮᠠᠭ᠂ ᠡᠷᠳᠡᠨᠢ ᠰᠢᠰᠢ ᠶᠢᠨ ᠰᠢᠷ᠎ᠠ | ᠡᠳ᠋᠂ ᠺᠠᠯᠢ ᠪᠣᠯᠤᠨᠺᠠᠯᠼ ᠤᠨ ᠠᠭᠤᠯᠤᠭᠳᠠᠴᠠ ᠴᠤ ᠨᠡᠯᠢᠶᠡᠳ | ᠰᠠᠶᠢᠨ ᠪᠠᠶᠢᠳᠠᠭ᠃ | 4.ᠲᠤᠲᠤᠷᠭ᠎ᠠ ᠪᠤᠳᠠᠭ᠎ᠠ + ᠠᠯᠠᠭ ᠲᠤᠲᠤᠷᠭ᠎ᠠ︔ | ᠠᠯᠠᠭ ᠲᠤᠲᠤᠷᠭ᠎ᠠ ᠢᠳᠡᠬᠦ ᠶᠢ ᠴᠠᠭᠠᠨ ᠲᠤᠲᠤᠷᠭ᠎ᠠ | ᠢᠳᠡᠬᠦ ᠲᠠᠢ ᠬᠠᠷᠢᠴᠠᠭᠤᠯᠪᠠᠯ᠂ ᠡᠳᠦᠷ ᠤᠨ ᠳᠤᠮᠳᠠᠴᠢ | ᠴᠢᠰᠤᠨᠰᠢᠬᠢᠷ ᠤᠨ ᠲᠠᠯᠠᠪᠠᠶ ᠨᠢ 19.8% ᠪᠠᠷ ᠪᠠᠭᠤᠷᠠᠳᠠᠭ᠂ | ᠠᠯᠠᠭ ᠲᠤᠲᠤᠷᠭ᠎ᠠ ᠶᠢ ᠡᠯᠳᠡᠪ ᠵᠦᠢᠯ ᠤᠨ ᠪᠤᠷᠴᠠᠭ ᠲᠠᠢ | ᠬᠤᠯᠢᠵᠤ ᠢᠳᠡᠪᠡᠯ ᠴᠢᠰᠦᠨ ᠰᠢᠬᠢᠷ ᠢ 22.9 % ᠪᠠᠷ | ᠪᠠᠭᠤᠷᠠᠭᠤᠯᠬᠤ ᠪᠦᠭᠡᠳ ᠨᠦᠢᠷ ᠤᠨ ᠠᠷᠠᠯ ᠤᠨ ᠡᠳ᠋ ᠤᠨ | ᠰᠣᠷᠭᠤᠭ ᠴᠢᠨᠠᠷ ᠢ ᠴᠦᠮ ᠳᠡᠭᠡᠭᠰᠢᠯᠡᠭᠦᠯᠳᠡᠭ᠃ | ᠪᠤᠳᠠᠭ᠎ᠠ ᠶᠢ ᠢᠡᠭᠭᠢᠵᠦ ᠢᠳᠡᠪᠡᠯ ᠴᠢᠰᠦᠨ ᠰᠢᠬᠢᠷ ᠢ ᠨᠠᠩ | ᠰᠠᠶᠢᠨ ᠬᠢᠵᠠᠭᠠᠷᠯᠠᠵᠤ ᠳᠡᠶᠢᠯᠦᠨ᠎ᠡ᠃ | 1.ᠲᠤᠲᠤᠷᠭ᠎ᠠ ᠪᠤᠳᠠᠭ᠎ᠠ ᠢᠳᠡᠬᠦ ᠳᠡᠭᠡᠨ ᠡᠳᠡᠭᠡᠷ ᠢ | ᠬᠤᠯᠢᠵᠦ ᠢᠳᠡᠭᠡᠷᠡᠢ᠄ ᠲᠤᠲᠤᠷᠭ᠎ᠠ ᠪᠤᠳᠠᠭ᠎ᠠ + ᠤᠭᠤᠷᠠᠭᠲᠤ | ᠢᠳᠡᠭᠡᠨ᠂ ᠲᠤᠲᠤᠷᠭ᠎ᠠ ᠪᠤᠳᠠᠭ᠎ᠠ + ᠢᠳᠡᠰᠢᠨ ᠨᠣᠭᠤᠭ᠎ᠠ᠃ | ᠠᠩᠬᠠᠷᠤᠭᠤᠰᠢᠲᠠᠶ ᠨᠢ ᠴᠠᠷᠳᠠᠭᠤᠯ ᠤᠨ ᠪᠤᠰᠤ ᠲᠥᠷᠥᠯ ᠤᠨ | ᠢᠳᠡᠰᠢᠨ ᠨᠣᠭᠤᠭ᠎ᠠ ᠲᠠᠢ ᠬᠤᠯᠢᠵᠦ ᠢᠳᠡᠬᠦ ᠶᠢ | ᠰᠠᠨᠠᠭᠤᠯᠤᠶ᠎ᠠ᠂ ᠵᠢᠱᠢᠶᠡᠯᠡᠪᠡᠯ ᠵᠢᠵᠢᠭ ᠴᠠᠭᠠᠨ ᠨᠣᠭᠤᠭ᠎ᠠ᠂ | ᠪᠦᠸᠧᠼᠠᠢ ᠨᠣᠭᠤᠭ᠎ᠠ᠂ᠬᠥᠨᠳᠡᠶ ᠭᠤᠤᠯᠳᠦ ᠨᠣᠭᠤᠭ᠎ᠠ ᠵᠡᠷᠭᠡ | ᠨᠣᠭᠤᠭᠠᠨ ᠨᠠᠪᠴᠢᠲᠤ ᠨᠣᠭᠤᠭ᠎ᠠ ᠪᠤᠶᠤ ᠬᠠᠰᠢ᠂ ᠲᠥᠪᠡᠳ ᠬᠠᠰᠢ᠂ | ᠳ᠋ᠦᠩᠭᠤᠸᠠ ᠵᠡᠷᠭᠡ ᠭᠤᠸ᠎ᠠ ᠬᠠᠰᠢ ᠶᠢᠨ ᠲᠥᠷᠥᠯ ᠤᠨ ᠢᠳᠡᠰᠢᠨ | ᠨᠣᠭᠤᠭ᠎ᠠ ᠵᠡᠷᠭᠡ ᠶᠢ ᠬᠤᠯᠢᠵᠦ ᠢᠳᠡᠵᠦ ᠪᠣᠯᠤᠨ᠎ᠠ᠃ | 2.ᠬᠤᠭᠤᠯᠠᠨ ᠠᠴᠠ ᠡᠮᠦᠨ᠎ᠡ ᠡᠳᠡᠭᠡᠷ ᠢ ᠢᠳᠡᠵᠦ ᠪᠣᠯᠤᠨ᠎ᠠ᠄ | ᠬᠤᠭᠤᠯᠠ ᠢᠳᠡᠬᠦ ᠡᠴᠡ ᠡᠮᠦᠨ᠎ᠡ ᠵᠢᠮᠢᠰ ᠪᠠᠭ᠎ᠠ ᠰᠠᠭ᠎ᠠ | ᠢᠳᠡᠪᠡᠯ ᠴᠢᠰᠤᠨ ᠰᠢᠬᠢᠷ ᠢ ᠴᠢᠨᠢ ᠨᠡᠩ ᠰᠠᠶᠢᠨ | ᠬᠢᠵᠠᠭᠠᠷᠯᠠᠵᠤ ᠳᠡᠶᠢᠯᠦᠨ᠎ᠡ᠃ | | |